【ᠰᠢᠯᠵᠢᠭᠦᠯᠦᠨ ᠨᠡᠢᠲᠡᠯᠡᠭᠰᠡᠨ】《ᠦᠵᠡᠰᠭᠦᠯᠡᠩᠲᠦ ᠰᠠᠢᠬᠠᠨ ᠤᠮᠠᠷᠠᠲᠦ ᠬᠢᠯᠢ》 ᠶᠠᠷᠢᠶᠠᠨ ᠤ᠋ ᠲᠠᠪᠴᠠᠩ ᠡᠬᠢᠯᠡᠪᠠ - 出版集团 - 蒙文
【ᠰᠢᠯᠵᠢᠭᠦᠯᠦᠨ ᠨᠡᠢᠲᠡᠯᠡᠭᠰᠡᠨ】《ᠦᠵᠡᠰᠭᠦᠯᠡᠩᠲᠦ ᠰᠠᠢᠬᠠᠨ ᠤᠮᠠᠷᠠᠲᠦ ᠬᠢᠯᠢ》 ᠶᠠᠷᠢᠶᠠᠨ ᠤ᠋ ᠲᠠᠪᠴᠠᠩ ᠡᠬᠢᠯᠡᠪᠠ
2019.05.01

  《ᠦᠵᠡᠰᠭᠦᠯᠡᠩᠲᠦ ᠰᠠᠢᠬᠠᠨ ᠤᠮᠠᠷᠠᠲᠦ ᠬᠢᠯᠢ ᠶᠠᠷᠢᠶᠠᠨ ᠤ᠋ ᠲᠠᠪᠴᠠᠩ ᠨᠢ ᠥᠪᠡᠷᠳᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶ᠎ᠠ ᠶ᠋ᠢᠨ ᠤᠬᠠᠭᠤᠯᠬᠤ ᠬᠡᠯᠳᠠᠰ ᠡᠴᠡ ᠭᠣᠣᠯᠯᠠᠨ ᠬᠠᠮᠢᠶᠠᠷᠴᠦ᠂ ᠥᠪᠤᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠡᠴᠡ ᠭᠣᠣᠯᠯᠠᠨ ᠡᠷᠬᠢᠯᠡᠭᠰᠡᠨ ᠭᠣᠣᠯ ᠰᠠᠳᠤᠪᠲᠦ ᠦᠵᠡᠯ ᠰᠠᠨᠠᠭ᠎ᠠ ᠰᠣᠶᠤᠯ ᠤ᠋ᠨ ᠰᠣᠯᠢᠯᠴᠠᠭᠠᠨ ᠤ᠋ ᠠᠵᠢᠯᠯᠠᠭ᠎ᠠ ᠪᠣᠯᠤᠨ᠎ᠠ᠂ ᠶᠠᠷᠢᠶᠠᠨ ᠤ᠋ ᠲᠠᠪᠴᠠᠩ ᠨᠢ ᠦᠵᠡᠯ ᠰᠠᠨᠠᠭ᠎ᠠ ᠣᠨᠤᠯ ᠤ᠋ᠨ ᠤᠳᠤᠷᠢᠳᠤᠮᠵᠢ ᠪᠣᠯᠤᠨ ᠦᠢᠯᠡᠳᠤᠯᠭᠡ ᠶ᠋ᠢᠨ ᠰᠢᠨ᠎ᠡ ᠶ᠋ᠢ ᠡᠭᠦᠳᠬᠦ ᠦᠷ᠎ᠡ ᠪᠥᠳᠤᠮᠵᠢ ᠶ᠋ᠢ ᠲᠣᠪᠤᠢᠯᠭᠠᠵᠤ᠂ ᠭᠣᠣᠯ ᠲᠥᠪ ᠦ᠋ᠨ ᠲᠣᠭᠤᠷᠢᠨ ᠳ᠋ᠤ᠌ ᠶᠡᠬᠡ ᠳᠠᠯ᠎ᠠ ᠳ᠋ᠤ᠌ ᠦᠢᠯᠡᠴᠢᠯᠡᠵᠤ᠂ ᠠᠮᠢ ᠠᠬᠤᠢ᠂ ᠬᠦᠨ ᠤᠬᠠᠭᠠᠨ᠂ ᠰᠣᠶᠤᠯ ᠢᠷᠭᠡᠨᠰᠢᠯ᠂ ᠤᠷᠠᠯᠢᠭ᠂ ᠠᠵᠤ ᠠᠬᠤᠢ᠂ ᠰᠤᠷᠭᠠᠨ ᠬᠥᠮᠦᠵᠢᠯ ᠵᠡᠷᠭᠡ ᠪᠡᠷ ᠭᠣᠣᠯ ᠰᠠᠳᠤᠪ ᠪᠣᠯᠭᠠᠨ᠂ ᠳᠤᠭᠳᠠᠭᠰᠠᠨ ᠬᠤᠭᠤᠴᠠᠭ᠎ᠠ ᠲᠠᠢ ᠪᠡᠷ ᠨᠡᠷ᠎ᠡ ᠬᠦᠨᠳᠦᠳᠦ ᠳᠤᠰᠬᠠᠢ ᠮᠡᠷᠭᠡᠵᠢᠯᠳᠡᠨ ᠢ᠋ ᠬᠥᠬᠡᠬᠣᠲᠠ ᠳ᠋ᠤ᠌ ᠤᠷᠢᠵᠤ᠂ ᠶᠠᠷᠢᠶ᠎ᠠ ᠢᠯᠡᠳᠭᠡᠯ ᠬᠢᠯᠭᠡᠬᠦ ᠪᠣᠯᠤᠨ᠎ᠠ᠃

      4 ᠰᠠᠷ᠎ᠠ ᠶ᠋ᠢᠨ 30 ᠤ᠋ ᠦᠳᠠ ᠶ᠋ᠢᠨ ᠡᠮᠦᠨ᠎ᠠ᠂ ᠥᠪᠤᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠡᠴᠡ ᠭᠣᠣᠯᠯᠠᠨ ᠡᠷᠬᠢᠯᠡᠭᠰᠡᠨᠦᠵᠡᠰᠭᠦᠯᠡᠩᠲᠦ ᠰᠠᠢᠬᠠᠨ ᠤᠮᠠᠷᠠᠲᠦ ᠬᠢᠯᠢ ᠶᠠᠷᠢᠶᠠᠨ ᠤ᠋ ᠲᠠᠪᠴᠠᠩ ᠥᠪᠤᠷ ᠮᠣᠩᠭᠤᠯ ᠤ᠋ᠨ ᠠᠷᠠᠳ ᠤ᠋ᠨ ᠬᠤᠷᠠᠯ ᠤ᠋ᠨ ᠲᠠᠩᠬᠢᠮ ᠳ᠋ᠤ᠌ ᠡᠬᠢᠯᠡᠵᠤ᠂ ᠨᠡᠢᠭᠡᠮ ᠦ᠋ᠨ ᠡᠯ᠎ᠠ ᠡᠳᠡᠭᠡᠳ ᠦ᠋ᠨ ᠬᠢᠨ ᠦ᠌ 1200 ᠭᠠᠷᠤᠢ ᠬᠥᠮᠦᠨ ᠣᠷᠤᠯᠴᠠᠪᠠ᠃

      ᠠᠩᠬᠠᠳᠤᠭᠠᠷ ᠬᠤᠭᠤᠴᠠᠭᠠᠨ ᠤ᠋ᠦᠵᠡᠰᠭᠦᠯᠡᠩᠲᠦ ᠰᠠᠢᠬᠠᠨ ᠤᠮᠠᠷᠠᠲᠦ ᠬᠢᠯᠢ ᠶᠠᠷᠢᠶᠠᠨ ᠤ᠋ ᠲᠠᠪᠴᠠᠩ ᠳ᠋ᠤ᠌ ᠤᠤᠯ ᠤ᠋ᠨ ᠭᠠᠳᠠᠭᠠᠳᠦ ᠠᠷᠠᠯᠵᠢᠶ᠎ᠠ ᠶ᠋ᠢᠨ ᠶᠠᠮᠤᠨ ᠤ᠋ ᠳᠡᠳ᠋ ᠳᠠᠷᠤᠭ᠎ᠠ᠂ ᠳᠤᠮᠳᠠᠳᠦ ᠤᠯᠤᠰ ᠤ᠋ᠨ ᠳᠡᠯᠡᠬᠡᠢ ᠶ᠋ᠢᠨ ᠬᠤᠳᠠᠯᠳᠤᠭᠠᠨ ᠤ᠋ ᠪᠠᠢᠭᠤᠯᠭ᠎ᠠ ᠳ᠋ᠤ᠌ ᠤᠷᠤᠬᠤ ᠠᠬᠠᠯᠠᠬᠤ ᠬᠡᠯᠡᠯᠴᠡᠭᠡᠴᠢ᠂ ᠪᠥᠸᠸ ᠤᠤ᠌ ᠶ᠋ᠢᠨ ᠠᠽᠢᠶ᠎ᠠ ᠶ᠋ᠢᠨ ᠶᠠᠷᠢᠶᠠᠨ ᠤ᠋ ᠲᠠᠪᠴᠠᠩ ᠤ᠋ᠨ ᠤᠤᠯ ᠤ᠋ᠨ ᠬᠡᠷᠡᠭ ᠮᠡᠳᠡᠭᠴᠢ᠂ ᠨᠠᠷᠢᠨ ᠪᠢᠴᠢᠭ ᠤ᠋ᠨ ᠳᠠᠷᠤᠭ᠎ᠠ ᠯᠦᠩ ᠶᠦᠩ ᠲᠥ ᠡᠴᠡ ᠣᠳᠣᠬᠢ ᠶ᠋ᠢᠨ ᠠᠵᠤ ᠠᠬᠤᠢ ᠶ᠋ᠢᠨ ᠪᠠᠢᠳᠠᠯ ᠬᠢᠭᠡᠳ ᠮᠠᠨ ᠤ᠋ ᠤᠯᠤᠰ ᠤ᠋ᠨ ᠭᠠᠳᠠᠭᠠᠳᠦ ᠯᠤᠭ᠎ᠠ ᠶ᠋ᠢᠨ ᠴᠢᠯᠦᠭᠡᠳᠠᠢ ᠶᠠᠪᠤᠯᠴᠠᠭ᠎ᠠ ᠬᠡᠬᠦ ᠭᠣᠣᠯ ᠰᠠᠳᠤᠪ ᠢ᠋ᠶ᠋ᠠᠷ ᠲᠠᠢᠯᠤᠮᠵᠢ ᠬᠢᠭᠰᠡᠨ ᠪᠠᠢᠨ᠎ᠠ᠃

     ᠯᠦᠩ ᠶᠦᠩ ᠲᠥ ᠲᠠᠢᠯᠤᠮᠵᠢ ᠳ᠋ᠤ᠌ ᠪᠠᠨ ᠪᠥᠬᠦ ᠪᠥᠮᠪᠦᠷᠴᠡᠭ ᠦ᠋ᠨ ᠠᠵᠤ ᠠᠬᠤᠢ ᠶ᠋ᠢᠨ ᠨᠢᠭᠡ ᠴᠤᠭᠴᠠᠵᠢᠯᠳᠠ ᠬᠢᠭᠡᠳ ᠮᠠᠨ ᠤ᠋ ᠤᠯᠤᠰ ᠤ᠋ᠨ ᠥᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠳ᠋ᠡᠬᠢ ᠤᠯᠠᠨ ᠤᠯᠤᠰ ᠤ᠋ᠨ ᠤᠯᠤᠰ ᠲᠥᠷᠦ ᠠᠵᠤ ᠠᠬᠤᠢ ᠶ᠋ᠢᠨ ᠬᠤᠪᠢᠷᠠᠯᠳᠠ;ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢᠬᠢ ᠮᠠᠨ ᠤ᠋ ᠤᠯᠤᠰ ᠤ᠋ᠨ ᠭᠠᠳᠠᠭᠠᠳᠦ ᠯᠤᠭ᠎ᠠ ᠴᠢᠯᠦᠭᠡᠳᠠᠢ ᠶᠠᠪᠤᠯᠴᠠᠭᠰᠠᠨ ᠰᠢᠨ᠎ᠡ ᠣᠨᠴᠠᠯᠢᠭ᠂ ᠮᠠᠨ ᠤ᠋ ᠤᠯᠤᠰ ᠤ᠋ᠨ ᠭᠠᠳᠠᠭᠠᠳᠦ ᠯᠤᠭ᠎ᠠ ᠴᠢᠯᠦᠭᠡᠳᠠᠢ ᠶᠠᠪᠤᠯᠴᠠᠭᠰᠠᠨ ᠭᠤᠷᠪᠠᠨ ᠶᠡᠬᠡ ᠬᠦᠰᠢᠶ᠎ᠠ; ᠨᠢᠭᠡ ᠪᠦᠰᠠ ᠨᠢᠭᠡ ᠵᠠᠮ ᠤ᠋ᠨ ᠤᠷᠢᠶᠠᠯᠠᠭ᠎ᠠ ᠨᠢ ᠤᠯᠤᠰ ᠤ᠋ᠨ ᠳᠤᠳᠤᠭᠠᠳᠦ ᠭᠠᠳᠠᠭᠠᠳᠦ ᠶ᠋ᠢᠨ ᠬᠤᠶᠠᠷ ᠲᠠᠯ᠎ᠠ ᠶ᠋ᠢ ᠬᠠᠮᠲᠦ ᠳ᠋ᠤ᠌ ᠨᠢ ᠬᠠᠷᠠᠭᠠᠯᠵᠠᠵᠤ᠂ ᠳᠤᠮᠳᠠᠳᠦ ᠤᠯᠤᠰ ᠤ᠋ᠨ ᠭᠠᠳᠠᠭᠠᠳᠦ ᠯᠤᠭ᠎ᠠ ᠶ᠋ᠢᠨ ᠴᠢᠯᠦᠭᠡᠳᠠᠢ ᠶᠠᠪᠤᠯᠴᠠᠭ᠎ᠠ ᠰᠢᠨ᠎ᠡ ᠱᠠᠳᠤᠨ ᠳ᠋ᠤ᠌ ᠣᠷᠤᠭᠰᠠᠨ; ᠭᠠᠳᠠᠭᠠᠳᠤ ᠲᠠᠢ ᠴᠢᠯᠦᠭᠡᠳᠠᠢ ᠶᠠᠪᠤᠯᠴᠠᠬᠤ ᠶ᠋ᠢ ᠪᠠᠷᠢᠮᠳᠠᠯᠠᠨ ᠳᠤᠮᠳᠠᠳᠦ ᠶ᠋ᠢᠨ ᠦᠨᠳᠦᠰᠦᠲᠡᠨ ᠦ᠌ ᠠᠭᠤᠤ ᠶᠡᠬᠡ ᠰᠡᠷᠭᠦᠨ ᠮᠠᠨᠳᠤᠯᠳᠠ ᠶ᠋ᠢᠨ ᠳᠤᠮᠳᠠᠳᠦ ᠶ᠋ᠢᠨ ᠬᠦᠰᠡᠯ ᠢ᠋ ᠲᠡᠷᠭᠡᠯᠰᠢᠭᠦᠯᠬᠦ ᠪᠡᠷ ᠴᠢᠷᠮᠠᠢᠶ᠎ᠠ ᠵᠡᠷᠭᠡ ᠣᠳᠣᠬᠠᠨ ᠤ᠋ ᠬᠠᠯᠠᠭᠤᠷᠠᠯ ᠠᠰᠠᠭᠤᠳᠠᠯ ᠢ᠋ ᠵᠠᠳᠠᠯᠤᠨ ᠶᠠᠷᠢᠵᠤ᠂ ᠪᠥᠬᠦ ᠪᠥᠮᠪᠦᠷᠴᠡᠭ ᠤ᠋ᠨ ᠬᠠᠷᠠᠭᠠᠰᠦ᠂ ᠪᠦᠬᠦ ᠤᠯᠤᠰ ᠤ᠋ᠨ ᠵᠣᠭᠰᠤᠴᠠ᠂ ᠥᠪᠦᠷ ᠮᠣᠩᠭᠤᠯ ᠤ᠋ᠨ ᠣᠷᠤᠨ ᠪᠠᠢᠷᠢ ᠡᠴᠡ ᠣᠨᠤᠯ ᠦᠢᠯᠡᠳᠦᠯᠭᠡ᠂ ᠤᠯᠤᠰ ᠤ᠋ᠨ ᠳᠤᠳᠤᠭᠠᠳᠦ ᠭᠠᠳᠠᠭᠠᠳᠦ᠂ ᠥᠪᠤᠷ ᠮᠣᠩᠭᠤᠯ ᠤ᠋ᠨ ᠬᠥᠭᠵᠢᠯᠳᠠ ᠶ᠋ᠢᠨ ᠪᠠᠢᠯᠳᠤᠬᠤ ᠪᠣᠳᠤᠯᠭ᠎ᠠ ᠵᠢᠴᠢ ᠪᠤᠳᠠᠳᠠᠢ ᠦᠢᠯᠡᠳᠤᠯᠭᠡ ᠶ᠋ᠢᠨ ᠵᠠᠮ ᠢ᠋ ᠵᠠᠳᠠᠯᠤᠨ ᠰᠢᠨᠵᠢᠯᠡᠪᠠ᠃ ᠡᠳᠡᠭᠡᠷ ᠨᠢ ᠥᠪᠤᠷ ᠮᠣᠩᠭᠤᠯ ᠤ᠋ᠨ ᠠᠮᠢ ᠠᠬᠤᠢ ᠶᠠᠭᠤᠨ ᠤ᠋ ᠤᠷᠢᠳ ᠪᠤᠬᠢᠷᠳᠤᠯ ᠦᠭᠡᠢ ᠬᠦᠭᠵᠢᠯᠳᠠ ᠶ᠋ᠢᠨ ᠤᠢᠯᠭᠠᠯᠳᠠ ᠶ᠋ᠢ ᠪᠠᠷᠢᠮᠳᠠᠯᠠᠨ᠂ ᠥᠪᠤᠷ ᠮᠣᠩᠭᠤᠯ ᠤ᠋ᠨ ᠣᠷᠤᠨ ᠨᠤᠲᠤᠭ ᠤ᠋ᠨ ᠠᠵᠤ ᠠᠬᠤᠢ ᠶ᠋ᠢᠨ ᠴᠢᠨᠠᠷ ᠰᠠᠢᠳᠠᠢ ᠬᠥᠭᠵᠢᠯᠲᠠ ᠶ᠋ᠢ ᠲᠦᠯᠬᠢᠨ ᠠᠬᠢᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠦ᠌ ᠦᠵᠡᠯ ᠰᠠᠨᠠᠭ᠎ᠠ ᠣᠨᠤᠯ ᠤ᠋ᠨ ᠬᠢᠷᠢ ᠲᠦᠪᠰᠢᠨ ᠬᠢᠭᠡᠳ ᠰᠣᠶᠤᠯ ᠤ᠋ᠨ ᠬᠡᠪ ᠪᠣᠯᠪᠠᠰᠤᠷᠠᠯ ᠢ᠋ ᠳᠡᠭᠡᠭᠰᠢᠯᠡᠭᠦᠯᠬᠦ ᠳ᠋ᠦ᠍ ᠬᠠᠨᠳᠤᠯᠭᠠᠳᠦ ᠴᠢᠨᠠᠷᠳᠠᠢ ᠵᠢᠯᠤᠭᠤᠳᠤᠯᠭ᠎ᠠ ᠬᠠᠩᠭᠠᠭᠰᠠᠨ ᠪᠠᠢᠨ᠎ᠠ᠃

      ᠭᠣᠣᠯᠯᠠᠨ ᠡᠷᠬᠢᠯᠡᠭᠰᠡᠨ ᠨᠢᠭᠡᠴᠠ ᠡᠴᠡ ᠢᠯᠡᠷᠬᠡᠢᠯᠡᠭᠰᠡᠨ ᠨᠢ᠂ ᠯᠦᠩ ᠶᠦᠩ ᠲᠥ ᠠᠪᠤᠭᠠᠢ ᠶ᠋ᠢᠨ ᠲᠤᠰ ᠤᠳᠠᠭᠠᠨ ᠤ᠋ ᠲᠠᠢᠯᠤᠮᠵᠢ ᠨᠢ ᠥᠪᠤᠷ ᠮᠣᠩᠭᠤᠯ ᠤ᠋ᠨ ᠰᠢᠨ᠎ᠡ ᠴᠠᠭ ᠦᠶ᠎ᠠ ᠶ᠋ᠢᠨ ᠮᠣᠩᠭᠤᠯ ᠮᠣᠷᠢᠨ ᠤ᠋ ᠵᠣᠷᠢᠭ ᠰᠠᠨᠠᠭ᠎ᠠ ᠶ᠋ᠢ ᠪᠠᠳᠠᠷᠠᠭᠤᠯᠤᠨ᠂ ᠬᠦᠭᠵᠢᠯᠳᠠ ᠶ᠋ᠢᠨ ᠰᠢᠨ᠎ᠡ ᠰᠡᠳᠬᠢᠴᠠ᠂ ᠰᠢᠨ᠎ᠡ ᠬᠠᠷᠠᠭᠠᠰᠦ ᠶ᠋ᠢ ᠪᠠᠷᠢᠮᠳᠠᠯᠠᠵᠤ᠂ ᠡᠢᠮᠦᠷᠬᠦᠦ ᠲᠠᠢᠯᠤᠮᠵᠢ ᠶ᠋ᠢ ᠦᠷᠭᠦᠯᠵᠢᠯᠡᠨ ᠵᠣᠬᠢᠶᠠᠨ ᠪᠠᠢᠭᠤᠯᠤᠨᠦᠵᠡᠰᠭᠦᠯᠡᠩᠲᠦ ᠰᠠᠢᠬᠠᠨ ᠤᠮᠠᠷᠠᠲᠦ ᠬᠢᠯᠢ ᠶᠠᠷᠢᠶᠠᠨ ᠤ᠋ ᠲᠠᠪᠴᠠᠩ ᠤ᠋ᠨ ᠲᠥᠷᠦᠯ ᠲᠡᠮᠳᠡᠭ ᠢ᠋ ᠡᠭᠦᠳᠴᠦ᠂ ᠠᠵᠤ ᠠᠬᠤᠢ ᠶ᠋ᠢᠨ ᠬᠥᠭᠵᠢᠯᠳᠠ ᠶ᠋ᠢᠨ ᠴᠢᠨᠠᠷ ᠰᠠᠢᠳᠠᠢ ᠬᠥᠭᠵᠢᠯᠳᠠ ᠳ᠋ᠤ᠌ ᠬᠦᠴᠦᠨ ᠨᠡᠮᠡᠷᠢᠯᠡᠨ᠎ᠠ ᠭᠡᠪᠠ᠃

      ᠲᠤᠰ ᠮᠡᠳᠡᠭᠡ ᠶ᠋ᠢ ᠥᠪᠦᠷ ᠮᠣᠩᠭᠤᠯ ᠤ᠋ᠨ ᠡᠳᠦᠷ ᠤ᠋ᠨ ᠰᠣᠨᠢᠨ ᠤ᠋ ᠮᠣᠩᠭᠤᠯ ᠬᠡᠪᠯᠡᠯ ᠡᠴᠡ ᠰᠢᠯᠵᠢᠭᠦᠯᠦᠨ ᠨᠡᠢᠲᠡᠯᠡᠪᠡ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604
Baidu
sogou